more >>

ᠲᠦᠩᠯᠢᠶᠣᠣ ᠵᠢᠨ ᠬᠠᠨ ᠠᠭᠤᠯᠠ ᠤᠯᠠᠭᠠᠨ ᠢᠳᠡᠭᠡ ᠡᠳ᠋ᠰᠢᠭᠦᠯᠬᠦ ᠬᠢᠵᠠᠭᠠᠷᠲᠤ ᠺᠣᠮᠫᠠᠨᠢ

ᠲᠦᠩᠯᠢᠶᠣᠣ ᠵᠢᠨ ᠬᠠᠨ ᠠᠭᠤᠯᠠ ᠤᠯᠠᠭᠠᠨ ᠢᠳᠡᠭᠡ ᠡᠳ᠋ᠰᠢᠭᠦᠯᠬᠦ ᠬᠢᠵᠠᠭᠠᠷᠲᠤ ᠺᠣᠮᠫᠠᠨᠢ ᠪᠣᠯ ᠥᠪᠦᠷ ᠮᠣᠩᠭᠤᠯ ᠤᠨ ᠬᠠᠨ ᠠᠭᠤᠯᠠ ᠢᠳᠡᠭᠡᠨ ᠡᠳ᠋ᠰᠢᠭᠦᠯᠬᠦ ᠬᠢᠵᠠᠭᠠᠷᠲᠤ ᠺᠣᠮᠫᠠᠨᠢ ᠵᠢᠨ ᠬᠠᠷᠢᠶᠠᠲᠤ ᠺᠣᠮᠫᠠᠨᠢ ᠪᠣᠯᠤᠨ᠎ᠠ ᠂ ᠤᠤᠯ ᠤᠨ 1995 ᠣᠨ 3 ᠰᠠᠷ᠎ᠠ ᠳᠤ ᠪᠠᠢᠭᠤᠯᠤᠭᠰᠠᠨ ᠬᠠᠨ ᠠᠭᠤᠯᠠ ᠰᠦ᠋ ᠲᠠᠢ ᠴᠠᠢ ᠵᠢᠨ ᠮᠤᠬᠤᠯᠠᠭ ᠤᠨ ᠰᠠᠭᠤᠷᠢᠨ ᠳᠡᠭᠡᠷ᠎ᠡ ᠂ 2007 ᠣᠨ ᠳᠤ ᠲᠠᠩᠰᠠᠯᠠᠭᠤᠯᠤᠨ ᠪᠠᠢᠭᠤᠯᠵᠠᠢ ᠂ ᠨᠢᠭᠡᠨᠲᠡ 20 ᠵᠢᠯ ᠪᠣᠯᠵᠤ ᠪᠠᠢᠨ᠎ᠠ ᠃ ᠺᠣᠮᠫᠠᠨᠢ ᠵᠢᠨ ᠶᠡᠷᠦᠩᠬᠡᠢ ᠬᠥᠷᠦᠩᠭᠡ 1,835 ᠲᠦᠮᠡᠨ ᠲᠥᠭᠦᠷᠢᠭ ᠂ ᠲᠦᠭᠦᠬᠡᠢ ᠮᠢᠬᠠᠨ ᠤ ᠵᠢᠯ ᠦᠨ ᠦᠢᠯᠡᠳᠪᠦᠷᠢᠯᠡᠬᠦ ᠬᠡᠮᠵᠢᠶ᠎ᠡ 1,200 ᠲᠣᠨ ᠂ ᠬᠠᠲᠠᠭᠠᠭᠰᠠᠨ ᠮᠢᠬᠠᠨ ᠤ ᠵᠢᠯ ᠦᠨ ᠦᠢᠯᠡᠳᠪᠦᠷᠢᠯᠡᠬᠦ ᠬᠡᠮᠵᠢᠶ᠎ᠡ 480 ᠲᠣᠨ ᠪᠠᠢᠵᠤ ᠂ ᠬᠠᠲᠠᠭᠠᠭᠰᠠᠨ ᠮᠢᠬ᠎ᠠ ᠡᠳ᠋ᠰᠢᠭᠦᠯᠬᠦ ᠂ ᠤᠯᠠᠭᠠᠨ ᠢᠳᠡᠭᠡ ᠡᠳ᠋ᠰᠢᠭᠦᠯᠬᠦ ᠂ ᠦᠨᠳᠦᠰᠦᠲᠡᠨ ᠤ ᠣᠨᠴᠠᠯᠢᠭ ᠪᠦᠬᠦᠢ ᠲᠠᠸᠠᠷ ᠰᠤᠳᠤᠯᠤᠨ ᠨᠡᠭᠡᠭᠡᠬᠦ ᠂ ᠳᠣᠲᠤᠭᠠᠳᠤ ᠭᠠᠳᠠᠭᠠᠳᠤ ᠠᠷᠠᠯᠵᠢᠶ᠎ᠡ ᠶᠢ ᠤᠶᠠᠯᠳᠤᠭᠤᠭᠤᠯᠤᠭᠰᠠᠨ ᠦᠨᠳᠦᠰᠦᠲᠡᠨ ᠤ ᠣᠨᠴᠠᠯᠢᠭ ᠲᠠᠢ ᠠᠷᠠᠳ ᠡᠴᠡ ᠡᠷᠬᠢᠯᠡᠭᠰᠡᠨ ᠪᠢᠵᠸᠨᠸᠰ ᠪᠣᠯᠤᠨ᠎ᠠ ᠃
ᠲᠦᠩᠯᠢᠶᠣᠣ ᠵᠢᠨ ᠬᠠᠨ ᠠᠭᠤᠯᠠ ᠤᠯᠠᠭᠠᠨ ᠢᠳᠡᠭᠡ ᠡᠳ᠋ᠰᠢᠭᠦᠯᠬᠦ ᠬᠢᠵᠠᠭᠠᠷᠲᠤ ᠺᠣᠮᠫᠠᠨᠢ ᠵᠢᠨ ᠦᠢᠯᠡᠳᠪᠦᠷᠢᠯᠡᠭᠰᠡᠨ ᠬᠠᠨ ᠠᠭᠤᠯᠠ 《 ᠬᠠᠲᠠᠭᠠᠭᠰᠠᠨ ᠪᠣᠷᠴᠠ ᠨᠢ ᠤᠯᠤᠰ ᠤᠨ ᠪᠠ ᠥᠪᠡᠷᠲᠡᠭᠡᠨ ᠵᠠᠰᠠᠬᠤ ᠣᠷᠤᠨ ᠤ ᠬᠠᠮᠢᠶ᠎ᠠ ᠪᠦᠬᠦᠢ ᠨᠢᠭᠡᠴᠡ ᠳᠤ 《 ᠳᠤᠮᠳᠠᠳᠤ ᠤᠯᠤᠰ ᠤᠨ ᠬᠠᠲᠠᠭᠠᠭᠰᠠᠨ ᠪᠣᠷᠴᠠ ᠵᠢᠨ ᠨᠢᠭᠡᠳᠦᠭᠡᠷ ᠲᠠᠸᠠᠷ ᠲᠡᠮᠳᠡᠭ 》 ᠂ ᠥᠪᠦᠷ ᠮᠣᠩᠭᠤᠯ ᠤᠨ 《 ᠨᠡᠷᠡᠲᠦ ᠰᠤᠯᠠ ᠢᠳᠡᠭᠡᠨ 》 ᠂ 《 ᠪᠤᠬᠢᠷᠲᠦᠯ ᠦᠭᠡᠢ ᠪᠠᠢᠭᠠᠯᠢᠯᠢᠭ ᠢᠳᠡᠭᠡᠨ 》 ᠢᠶᠡᠷ ᠦᠨᠡᠯᠡᠭᠳᠡᠵᠦ ᠂ 《 ᠡᠬᠢᠯᠡᠨ ᠡᠭᠦᠰᠭᠡᠭᠰᠡᠨ ᠠᠯᠳᠠᠨ ᠮᠸᠲ᠋ᠠᠯ 》 ᠢᠶᠡᠷ ᠱᠠᠩᠨᠠᠭᠳᠠᠵᠠᠢ ︔ 《 ᠬᠠᠨ ᠠᠭᠤᠯᠠ 》 ᠲᠠᠸᠠᠷ ᠲᠡᠮᠳᠡᠭ ᠨᠢ ᠲᠦᠩᠯᠢᠶᠣᠣ ᠬᠤᠳᠠ ᠵᠢᠨ 《 ᠨᠡᠷᠡᠲᠦ ᠲᠠᠸᠠᠷ ᠲᠡᠮᠳᠡᠭ 》 ᠂ ᠥᠪᠦᠷ ᠮᠣᠩᠭᠤᠯ ᠤᠨ 《 ᠠᠯᠳᠠᠷᠲᠤ ᠲᠠᠸᠠᠷ ᠲᠡᠮᠳᠡᠭ 》 ᠂ 《 ᠳᠤᠮᠳᠠᠳᠤ ᠤᠯᠤᠰ ᠤᠨ ᠦᠨᠳᠦᠰᠦᠲᠡᠨ ᠤ ᠢᠳᠡᠭᠡᠨ ᠤᠮᠳᠠᠭᠠᠨ  ᠠᠷᠪᠠᠨ ᠰᠢᠯᠢᠳᠡᠭ ᠲᠠᠸᠠᠷ ᠲᠡᠮᠳᠡᠭ 》 ᠢᠶᠡᠷ ᠦᠨᠡᠯᠡᠭᠦᠯᠦᠭᠰᠡᠨ ᠪᠠᠢᠨ᠎ᠠ ︔ 2015 ᠣᠨ ᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠲᠠ ᠵᠢᠨ ᠶᠡᠷᠦᠩᠬᠡᠢ ᠲᠤᠪᠴᠢᠶ᠎ᠡ ᠡᠴᠡ 《 ᠳᠤᠮᠳᠠᠳᠤ ᠤᠯᠤᠰ ᠤᠨ ᠠᠯᠳᠠᠷᠲᠤ ᠲᠠᠸᠠᠷ ᠲᠡᠮᠳᠡᠭ 》 ᠢᠶᠡᠷ ᠦᠨᠡᠯᠡᠨ ᠪᠠᠲᠤᠯᠠᠵᠠᠢ ︔ ᠺᠣᠮᠫᠠᠨᠢ ᠵᠢᠨ ᠦᠢᠯᠡᠳᠪᠦᠷᠢᠯᠡᠭᠰᠡᠨ ᠲᠠᠸᠠᠷ ᠪᠦᠲᠦᠭᠡᠭᠳᠡᠬᠦᠨ ᠨᠢ ᠫᠠᠷᠢᠰ ᠳᠤ ᠪᠣᠯᠤᠭᠰᠠᠨ ᠡᠸᠦᠷᠦᠫᠡ ᠵᠢᠨ ᠢᠳᠡᠭᠡᠨ ᠤ ᠦᠵᠡᠭᠦᠯᠦᠯᠭᠡ ᠂ ᠳ᠋ᠠᠯᠢᠶᠠᠨ ᠳᠤ ᠪᠣᠯᠤᠭᠰᠠᠨ ᠲᠠᠪᠤᠳᠠᠬᠢ ᠳᠤᠮᠳᠠᠳᠤ ᠤᠯᠤᠰ ᠤᠨ ᠤᠯᠠᠨ ᠤᠯᠤᠰ ᠤᠨ ᠲᠠᠸᠠᠷ ᠲᠡᠮᠳᠡᠭ ᠦᠨ ᠴᠢᠭᠤᠯᠭᠠᠨ ᠂ ᠮᠤᠰᠺᠸᠠ ᠳᠤ ᠪᠣᠯᠤᠭᠰᠠᠨ ᠤᠯᠠᠨ ᠤᠯᠤᠰ ᠤᠨ ᠢᠳᠡᠭᠡᠨ ᠤ ᠦᠵᠡᠭᠦᠯᠦᠯᠭᠡ ᠂ ᠢᠲ᠋ᠠᠯᠢ ᠳᠤ ᠪᠣᠯᠤᠭᠰᠠᠨ ᠤᠯᠠᠭᠠᠨ ᠢᠳᠡᠭᠡᠨ ᠤ ᠲᠧᠭᠨᠢᠭ ᠦᠨ ᠦᠵᠡᠭᠦᠯᠦᠯᠭᠡ ᠳᠤ ᠤᠷᠢᠭᠳᠠᠨ ᠣᠷᠤᠯᠴᠠᠭᠰᠠᠨ ᠪᠠᠢᠨ᠎ᠠ ︔ ᠺᠣᠮᠫᠠᠨᠢ ᠨᠢ ᠥᠪᠦᠷ ᠮᠣᠩᠭᠤᠯ ᠤᠨ ᠮᠠᠯ ᠲᠠᠷᠢᠶᠠᠯᠠᠩ ᠤᠨ ᠠᠵᠤ ᠦᠢᠯᠡᠰᠵᠢᠭᠦᠯᠦᠯᠲᠡ ᠵᠢᠨ ᠭᠤᠤᠯᠳᠠᠯᠠᠭ᠎ᠠ ᠲᠠᠢ ᠲᠣᠯᠤᠭᠠᠢᠯᠠᠭᠴᠢ ᠠᠵᠤ ᠠᠬᠤᠢᠯᠠᠯ ᠂ ᠥᠪᠡᠷᠲᠡᠭᠡᠨ ᠵᠠᠰᠠᠬᠤ ᠣᠷᠤᠨ ᠤ ᠶᠠᠳᠠᠭᠤ ᠶᠢ ᠲᠡᠳᠭᠦᠭᠰᠡᠨ ᠭᠣᠣᠯᠳᠠᠯᠭ᠎ᠠ ᠲᠠᠢ ᠲᠣᠯᠤᠭᠠᠢᠯᠠᠭᠴᠢ ᠠᠵᠤ ᠠᠬᠤᠢᠯᠠᠯ ᠂ ᠲᠦᠩᠯᠢᠶᠣᠣ ᠬᠤᠳᠠ ᠵᠢᠨ ᠬᠡᠷᠡᠭᠯᠡᠭᠴᠢᠳ ᠦᠨ ᠢᠲᠡᠭᠡᠮᠵᠢ ᠲᠠᠢ ᠠᠵᠤ ᠠᠬᠤᠢᠯᠠᠯ ᠢᠶᠡᠷ ᠦᠨᠡᠯᠡᠭᠳᠡᠵᠦ ᠂ ᠳᠤᠮᠳᠠᠳᠤ ᠤᠯᠤᠰ ᠤᠨ ᠤᠯᠠᠭᠠᠨ ᠢᠳᠡᠭᠡᠨ ᠤ ᠨᠡᠢᠭᠡᠮᠯᠢᠭ ᠦᠨ ᠪᠠᠢᠩᠭᠤ ᠵᠢᠨ ᠬᠡᠷᠡᠭ ᠡᠷᠬᠢᠯᠡᠭᠴᠢ ᠪᠠᠢᠭᠤᠯᠭ᠎ᠠ ᠪᠡᠷ ᠰᠣᠩᠭᠤᠭᠳᠠᠭᠰᠠᠨ ᠪᠠᠢᠨ᠎ᠠ ᠃ 

ᠢᠮᠧᠯ

tlhsrsp@163.com

WeChat

ᠤᠲᠠᠰᠦ

0475-8637000

ᠰᠦᠯᠵᠢᠶ᠎ᠡ

www.tlhanshan.com

ᠬᠠᠶᠢ᠍ᠭ

ᠦᠪᠦᠷ ᠮᠤᠩᠭ᠋ᠤᠯ ᠤᠨ ᠲᠦᠩᠯᠢᠶᠣᠤ ᠬᠤᠲᠠ ᠶᠢᠨ ᠲᠦᠩᠯᠢᠶᠣᠤ ᠠᠵᠤ ᠠᠬᠤᠢ ᠨᠡᠭᠡᠭᠡᠯᠲᠠ ᠶᠢᠨ ᠲᠤᠭᠤᠷᠢᠭ ᠤᠨ ᠭᠠᠨᠵᠤᠭ᠎ᠠ ᠬᠤᠰᠢᠭᠤ